4 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠥᠯᠥ | ᠬᠥᠳᠡᠯᠬᠦ ᠬᠥᠷᠥᠩᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠬᠦᠷᠢᠶᠡᠨ ᠳᠠᠬᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ | ᠤᠳᠤᠷᠢᠳᠤᠯᠭ᠎ᠠ ᠯᠢ ᠴᠦᠨ ᠶᠠᠨ᠂ ᠯᠢᠦ ᠮᠧᠩ᠂ ᠲᠢᠶᠠᠨ ᠵᠢᠶᠧ ᠣᠷᠣᠯᠴᠠᠵᠠᠢ᠃ | ᠶᠠᠨ ᠸᠧᠨ ᠯᠦᠩ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠤᠤ ᠶᠧ ᠰᠠᠭᠤᠭᠠᠯᠢ | ᠲᠣᠭᠤᠷᠢᠭ ᠲᠤ ᠬᠦᠷᠴᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠨᠥᠯᠥᠭᠡᠯᠡᠵᠦ ᠪᠠᠶᠢᠭ᠎ᠠ | ᠲᠦᠭᠵᠢᠷᠡᠯ ᠠᠰᠠᠭᠤᠳᠠᠯ ᠪᠠ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠢ ᠨᠠᠷᠢᠨ ᠣᠶᠢᠯᠠᠭᠠᠬᠤ ᠶᠢᠨ ᠬᠠᠮᠲᠤ | ᠪᠣᠳᠠᠲᠠᠶ ᠠᠰᠠᠭᠤᠳᠠᠯ ᠳᠤ ᠴᠢᠭᠯᠡᠭᠦᠯᠦᠨ ᠵᠢᠯᠣᠭᠤᠳᠣᠯᠭ᠎ᠠ ᠬᠢᠪᠠ᠃ ᠲᠡᠷᠡ ᠬᠡᠯᠡᠭᠰᠡᠨ ᠨᠢ᠂ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ | ᠡᠷᠬᠡᠪᠰᠢ ᠥᠨᠳᠥᠷ ᠲᠦᠪᠰᠢᠨ ᠢᠶᠠᠷ ᠠᠬᠢᠭᠤᠯᠵᠤ᠂ ᠡᠴᠦᠰ ᠲᠤᠨᠢ ᠲᠤᠯᠲᠠᠯ᠎ᠠ ᠠᠳᠬᠤᠵᠤ᠂ ᠪᠠᠭ᠎ᠠ ᠬᠡᠷᠴᠢᠮ ᠢᠶᠠᠷ ᠶᠡᠭᠡ | ᠵᠠᠰᠠᠯᠲᠠ ᠶᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠲᠤᠷᠠᠭᠰᠠᠨ ᠲᠣᠭᠲᠠᠴᠠ ᠶᠢ ᠨᠡᠮᠡᠭᠳᠡᠭᠦᠯᠵᠦ᠂ ︽ᠣᠯᠠᠨ | ᠲᠦᠮᠡᠨ ᠠᠯᠳᠠᠭ᠎ᠠ ᠪᠤᠷᠤᠭᠤ ᠦᠭᠡᠶ ᠪᠣᠯ ᠦᠨᠡᠮᠯᠡᠯ ᠭᠦᠢᠴᠡᠳᠬᠡᠵᠦ ᠪᠣᠯᠬᠤ︾ ᠵᠠᠷᠴᠢᠮ ᠶᠣᠰᠣᠭᠠᠷ᠂ ᠳᠤᠲᠠᠭᠤ ᠶᠢ | ᠠᠭᠤᠴᠢᠯᠠᠨ ᠭᠦᠢᠴᠡᠳᠬᠡᠬᠦ᠂ ᠦᠨᠡᠮᠯᠡᠯ ᠲᠤᠰᠢᠶᠠᠬᠤ ᠶᠢ ᠰᠠᠯᠭᠠᠬᠤ ᠵᠡᠷᠭᠡ ᠵᠤᠷᠰᠢᠯ ᠠᠴᠠ ᠬᠡᠲᠦᠷᠡᠭᠦᠯᠦᠨ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠠᠪᠴᠤ᠂ ᠨᠤᠷᠠᠭᠠᠵᠤ ᠨᠡᠭᠦᠯᠭᠡᠵᠦ ᠲᠥᠪᠬᠢᠨᠡᠭᠦᠯᠬᠦ᠂ ᠨᠢᠭᠡ ᠭᠡᠷ ᠣᠯᠠᠨ ᠬᠤᠳᠠᠯᠳᠤᠬᠤ ᠵᠡᠷᠭᠡ | ᠲᠦᠭᠵᠢᠷᠡᠯ ᠪᠠ ᠰᠢᠨ᠎ᠡ ᠪᠠᠷ ᠢᠯᠡᠷᠡᠭᠰᠡᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠲᠣᠮᠣ ᠳ᠋ᠠᠶᠢᠲ᠋ᠠ ᠪᠠᠷ | ᠳᠠᠮᠵᠢᠭᠤᠯᠤᠨ ᠠᠳᠠᠯᠢ ᠲᠥᠷᠥᠯ ᠤᠨ ᠵᠦᠢᠯᠡᠰ ᠢ ᠨᠡᠶᠢᠯᠡᠭᠦᠯᠵᠦ᠂ ᠦᠨᠡᠮᠯᠡᠯ ᠣᠯᠭᠤᠬᠤ ᠠᠬᠢᠴᠠ ᠶᠢ ᠪᠦᠯᠦᠭ ᠤᠳᠠᠭ᠎ᠠ | ᠬᠤᠪᠢᠶᠠᠨ ᠲᠦᠷᠭᠡᠳᠬᠡᠵᠦ᠂ ᠬᠠᠰᠤᠬᠤ ᠠᠷᠭ᠎ᠠ᠂ ᠦᠯᠡᠳᠡᠭᠡᠯ ᠢ ᠠᠷᠢᠯᠭᠠᠬᠤ᠂ ᠨᠡᠮᠡᠭᠳᠡᠯ ᠢ ᠬᠤᠷᠢᠭᠯᠠᠬᠤ ᠠᠵᠢᠯ ᠢ | ᠦᠷᠭᠦᠯᠵᠢᠯᠡᠨ ᠬᠢᠵᠦ᠂ ᠣᠯᠠᠨ ᠲᠦᠮᠡᠨ ᠤ ᠦᠨᠡᠮᠯᠡᠯ ᠭᠦᠢᠴᠡᠳᠭᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ | ᠬᠡᠷᠡᠭᠲᠡᠶ᠃ ᠠᠳᠠᠯ ᠠᠬᠤᠢ ᠦᠭᠡᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠵᠠᠰᠠᠬᠤ ᠬᠦᠴᠢᠷ ᠠᠰᠠᠭᠤᠳᠠᠯ ᠢ | ᠰᠢᠢᠳᠪᠦᠷᠢᠯᠡᠬᠦ ᠰᠡᠳᠬᠢᠬᠦᠢ ᠲᠠᠢ ᠪᠠᠶᠢᠵᠤ᠂ ᠭᠡᠷ᠎ᠡ ᠶᠢᠨ ᠵᠣᠷᠢᠭ ᠰᠠᠨᠠᠭ᠎ᠠ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ | ᠰᠦᠯᠵᠢᠶᠡᠨ ᠤ ᠬᠤᠯᠪᠣᠭᠠᠯᠠᠨ ᠬᠥᠳᠡᠯᠦᠯᠴᠡᠵᠦ ᠪᠠᠭ᠎ᠠ ᠪᠠᠭ᠎ᠠ ᠪᠠᠷ ᠥᠭᠡᠷᠡᠴᠢᠯᠡᠬᠦ ᠶᠢ ᠬᠥᠲᠥᠯᠥᠨ ᠳᠠᠭᠠᠭᠤᠯᠬᠤ ᠵᠡᠷᠭᠡ | ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠭᠡᠢ ᠪᠠᠶᠢᠭᠰᠠᠨ ᠠᠴᠠ ᠪᠠᠨ ᠪᠠᠶᠢᠬᠤ ᠬᠦᠷᠲᠡᠯ᠎ᠡ᠂ | ᠰᠢᠯᠢᠳᠡᠭ ᠠᠴᠠ ᠰᠢᠯᠢᠳᠡᠭ᠂ ᠰᠢᠯᠢᠳᠡᠭ ᠠᠴᠠ ᠨᠠᠷᠢᠯᠢᠭᠵᠢᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠰᠢᠨ᠎ᠡ ᠶᠢ ᠡᠭᠦᠳᠬᠦ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠠᠢ᠃ | ᠢ ᠺᠠᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ᠂ ᠶᠠᠨ ᠸᠧᠨ ᠯᠦᠩ ᠭᠠᠯ ᠤᠨᠲᠠᠷᠠᠭᠠᠬᠤ ᠠᠮᠤᠷ | ᠲᠦᠪᠰᠢᠨ ᠤ ᠲᠥᠬᠦᠭᠡᠷᠦᠮᠵᠢ ᠳᠤ ᠨᠠᠷᠢᠨ ᠪᠠᠶᠢᠴᠠᠭᠠᠯᠲᠠ ᠬᠢᠪᠡ᠃ ᠲᠡᠷᠡ ᠬᠡᠯᠡᠭᠰᠡᠨ ᠨᠢ᠂ ᠨᠠᠰᠤᠲᠠᠨ ᠢ ᠠᠰᠠᠷᠠᠬᠤ | ᠬᠦᠷᠢᠶᠡᠯᠡᠩ ᠤᠨ ᠬᠥᠮᠦᠰ ᠬᠤᠷᠠᠨ ᠴᠤᠭᠯᠠᠷᠠᠵᠤ᠂ ᠭᠠᠯ ᠤᠨᠲᠠᠷᠠᠭᠠᠬᠤ ᠠᠮᠤᠷ ᠲᠦᠪᠰᠢᠨ ᠲᠦᠢᠯ ᠤᠨ ᠴᠢᠬᠤᠯᠠ ᠶᠤᠮ᠃ | ᠭᠦᠨᠵᠡᠭᠡᠢ ᠰᠤᠷᠭᠠᠮᠵᠢ ᠠᠪᠴᠤ᠂ ᠰᠠᠨᠠᠭ᠎ᠠ ᠠᠮᠤᠷ ᠦᠭᠡᠢ ᠪᠣᠯ ᠦᠢᠯᠡᠳᠪᠦᠷᠢᠯᠡᠬᠦ ᠦᠭᠡᠢ᠂ ᠠᠮᠤᠷ ᠲᠦᠪᠰᠢᠨ ᠦᠭᠡᠢ | ᠪᠣᠯ ᠦᠢᠯᠡᠳᠪᠦᠷᠢᠯᠡᠬᠦ ᠦᠭᠡᠢ ᠪᠠᠶᠢᠬᠤ ᠶᠢ ᠪᠠᠷᠢᠮᠲᠠᠯᠠᠵᠤ᠂ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠵᠦ᠂ ᠠᠯᠳᠠᠰᠢ ᠭᠠᠷᠬᠤ ᠶᠢ ᠦᠨᠡᠨᠬᠦ ᠬᠤᠷᠢᠭᠯᠠᠵᠤ᠂ ᠭᠠᠯ ᠤᠨᠲᠠᠷᠠᠭᠠᠬᠤ ᠰᠣᠷᠢᠯᠲᠠ | ᠪᠠ ᠠᠮᠤᠷ ᠲᠦᠪᠰᠢᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠷᠠᠳ | ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ ᠭᠡᠵᠠᠢ᠃ |