4 ᠰᠠᠷ᠎ᠠ ᠶᠢᠨ 23 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ 2025 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ | ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ | ᠨᠠᠶᠢᠳᠠᠪᠤᠷᠢᠵᠢᠭᠤᠯᠬᠤ︾ ᠵᠡᠷᠭᠡ ᠣᠨᠣᠯ ᠤᠨ ᠵᠣᠬᠢᠶᠠᠯ ᠢ ᠤᠯᠠᠮᠵᠢᠯᠠᠨ ᠰᠤᠷᠤᠯᠴᠠᠪᠠ᠃ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠰᠢᠤᠢ ᠢ ᠱᠦ᠂ ᠢᠦᠢ ᠸᠧᠢ ᠵᠢᠶᠦ᠋ᠨ᠂ ᠹᠧᠩ ᡁᠢ᠂ ᠵᠧᠦ ᠵᠤᠤ ᠱᠦᠨ ᠰᠤᠷᠤᠯᠴᠠᠯᠭ᠎ᠠ ᠶᠢᠨ | ᠭᠤᠣᠯ ᠰᠡᠳᠦᠪ ᠤᠨ ᠲᠣᠭᠤᠷᠢᠨ ᠳᠤ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠴᠢᠬᠤᠯᠠ ᠠᠴᠢ ᠬᠤᠯᠪᠣᠭᠳᠠᠯ ᠪᠣᠯᠤᠨ | ᠭᠦᠨᠵᠡᠭᠡᠢ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠦᠬᠦ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠨᠡᠩ | ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠭᠤᠣᠯᠳᠠᠯᠭ᠎ᠠ ᠲᠠᠢ ᠬᠦᠷᠢᠶᠡᠨ ᠤ ᠰᠤᠷᠲᠠᠯ ᠤᠨ ᠠᠷᠬᠠᠭ ᠭᠡᠮ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠵᠢᠷᠭᠠᠨ ᠴᠡᠩᠭᠡᠬᠦ ᠦᠵᠡᠯ᠂ ᠱᠠᠯᠢᠨ | ᠪᠦᠷᠢᠯᠭᠡᠬᠦ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ | ᠴᠢᠷᠮᠠᠶᠢᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠬᠦᠯᠵᠦ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠱᠠᠯᠠᠪᠳᠠᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠪᠢᠲᠡᠭᠦᠦ ᠴᠠᠭᠠᠷᠢᠭ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠤᠯᠴᠠᠵᠤ | ᠪᠠᠶᠢᠴᠠᠭᠠᠨ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠠᠢ᠃ | |