ᠯᠢᠦ ᠬᠤ᠋ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠬᠤ᠋ ᠲᠢᠶᠠᠨ ᠸᠧᠨ ᠣᠷᠣᠯᠴᠠᠪᠠ᠃      ᠯᠢᠦ ᠬᠤ᠋ ᠤᠷᠢᠳ ᠬᠤᠵᠢᠳ ᠪᠧᠢ ᠵᠢᠶᠧ ᠲᠧ᠂ ᠷᠧᠨ ᠲᠦᠩ ᠱᠧᠩ ᠵᠡᠷᠭᠡ ᠠᠵᠤ ᠠᠬᠤᠶᠢᠯᠠᠯ ᠳᠤ ᠬᠦᠷᠴᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠤᠳᠤᠯᠵᠠᠢ᠃ ᠲᠡᠷᠡ ᠬᠡᠯᠡᠭᠰᠡᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠡᠯᠧᠮᠧᠨ᠋ᠲ ᠲᠦᠷᠦᠯ ᠵᠦᠢᠯ ᠢ ᠳᠠᠭᠠᠵᠤ᠂ ᠦᠢᠯᠡᠴᠢᠯᠡᠭᠡ ᠨᠢ ᠲᠦᠷᠦᠯ ᠵᠦᠢᠯ ᠢ ᠲᠣᠭᠤᠷᠢᠨ ᠡᠷᠭᠢᠯᠳᠦᠬᠦ︾ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠬᠢᠭᠤᠯᠬᠤ ᠳᠤ ᠠᠰᠢᠭᠲᠠᠢ ᠨᠥᠬᠦᠴᠡᠯ ᠢ ᠡᠭᠦᠳᠴᠦ᠂ ᠰᠢᠯᠢᠳᠡᠭ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠠᠶᠢᠭᠤᠯᠵᠤ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠳᠠᠬᠢᠨ ᠠᠰᠢᠭᠯᠠᠬᠤ ᠶᠢ ᠴᠢᠩᠭᠠᠳᠬᠠᠵᠤ᠂ ᠳᠠᠪᠤᠰᠤ ᠶᠡᠬᠡᠲᠡᠶ ᠤᠰᠤ ᠶᠢ ᠵᠠᠰᠠᠬᠤ ᠲᠦᠭᠵᠢᠷᠡᠯ ᠤᠨ ᠴᠡᠭ ᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠳᠠᠪᠤᠰᠤ ᠶᠡᠬᠡᠲᠡᠶ ᠤᠰᠤ ᠶᠢ ᠬᠡᠮᠵᠢᠶ᠎ᠡ ᠲᠠᠢ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠮᠣᠩᠭᠤᠯ ᠤᠯᠤᠰ ᠤᠨ ᠨᠡᠭᠦᠷᠡᠰᠦᠨ ᠤ ᠬᠢᠯᠢ ᠬᠢᠵᠠᠭᠠᠷ ᠤᠨ ᠨᠡᠭᠦᠷᠡᠰᠦ ᠶᠢ ᠤᠯᠠᠭᠠᠨᠬᠤᠲᠠ ᠳᠤ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠨᠡᠭᠦᠷᠡᠰᠦ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠭᠦᠷᠡᠰᠦ ᠮᠠᠯᠲᠠᠬᠤ ᠤᠬᠢᠶᠠᠨ ᠰᠣᠩᠭᠤᠬᠤ᠂ ᠬᠠᠳᠠᠭᠠᠯᠠᠵᠤ ᠳᠣᠭᠢᠷᠠᠭᠤᠯᠤᠨ ᠲᠡᠭᠡᠭᠡᠪᠦᠷᠢᠯᠡᠬᠦ ᠶᠢ ᠪᠥᠬᠦ ᠶᠠᠪᠤᠴᠠ ᠶᠢᠨ ᠣᠶᠤᠨᠴᠢ ᠬᠠᠮᠢᠶᠠᠷᠤᠨ ᠡᠵᠡᠮᠳᠡᠬᠦ ᠪᠠ ᠬᠠᠮᠵᠢᠯᠴᠠᠨ ᠠᠵᠢᠯᠯᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ ᠨᠡᠭᠦᠷᠡᠰᠦᠨ ᠤ ᠦᠢᠯᠡᠳᠬᠦᠨ ᠬᠠᠩᠭᠠᠵᠤ᠂ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠠᠢ᠃      ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠠᠵᠠᠷ ᠲᠤ᠂ ᠯᠢᠦ ᠬᠤ᠋ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠪᠠ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠱᠠᠯᠠᠪᠳᠠᠭᠤᠯᠤᠨ ᠵᠢᠯᠣᠭᠤᠳᠴᠤ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠰᠢᠪᠠᠳᠠᠵᠤ ᠪᠠᠶᠢᠭᠠᠳ ᠪᠦᠲᠦᠮᠵᠢᠲᠡᠶ ᠠᠷᠭ᠎ᠠ ᠬᠡᠮᠵᠢᠶ᠎ᠡ ᠪᠠ ᠲᠡᠷᠢᠭᠦᠨ ᠤ ᠤᠷ᠎ᠠ ᠮᠡᠷᠭᠡᠵᠢᠯ ᠠᠪᠤᠭᠤᠯᠵᠤ᠂ ᠪᠣᠬᠢᠷ ᠰᠢᠪᠠᠷ᠂ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠵᠢᠷᠤᠮᠵᠢᠭᠤᠯᠤᠨ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠲᠣᠭᠤᠷᠢᠭ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠠᠷᠢᠯᠭ᠎ᠠ ᠶᠢᠨ ᠬᠤᠭ ᠨᠣᠪᠰᠢ ᠶᠢ ᠴᠢᠳᠬᠤᠬᠤ ᠪᠠ ᠲᠡᠭᠡᠭᠡᠪᠦᠷᠢᠯᠡᠬᠦ ᠳᠤᠮᠳᠠ ᠨᠢᠭᠲᠠ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠠᠪᠤᠭᠰᠠᠨ ᠥᠬᠡᠶ ᠪᠠᠷ ᠬᠤᠭ ᠲᠣᠭᠤᠰᠣᠨ ᠤ ᠪᠣᠬᠢᠷᠲᠤᠯ᠂ ᠵᠠᠮ ᠤᠨ ᠭᠠᠳᠠᠷᠭᠤ ᠶᠢᠨ ᠪᠣᠬᠢᠷᠲᠤᠯ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ ᠭᠡᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号