4 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ 6 | ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ | ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ | ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠦᠬᠦ ᠲᠤᠭᠤᠷᠢᠭ ᠤᠨ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ | ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠨ ᠴᠥᠬᠦᠷᠡᠰᠢ ᠦᠭᠡᠢ ᠠᠳᠬᠤᠵᠤ᠂ ᠬᠤᠪᠢᠶᠠᠨ ᠳᠠᠭᠠᠭᠠᠴᠢᠯᠠᠭᠤᠯᠬᠤ᠂ | ᠬᠢᠵᠠᠭᠠᠷ ᠲᠠᠢ ᠣᠷᠣᠨ ᠵᠠᠢ᠂ ᠥᠨᠳᠥᠷ ᠣᠭᠲᠠᠷᠭᠤᠢ ᠳᠤ ᠪᠠᠷᠢᠯᠭ᠎ᠠ ᠪᠠᠷᠢᠬᠤ᠂ ᠭᠠᠯ ᠰᠡᠷᠭᠡᠶᠢᠯᠡᠬᠦ ᠠᠮᠤᠷ ᠲᠦᠪᠰᠢᠨ᠂ | ᠬᠠᠶᠠᠭᠳᠠᠮᠠᠯ ᠬᠠᠭᠤᠴᠢᠨ ᠦᠢᠯᠡᠳᠪᠦᠷᠢ ᠶᠢᠨ ᠭᠡᠷ᠂ ᠰᠤᠯᠠ ᠪᠠᠶᠢᠭ᠎ᠠ ᠬᠦᠷᠢᠶ᠎ᠡ ᠬᠠᠰᠢᠶ᠎ᠠ ᠵᠡᠷᠭᠡ ᠭᠤᠣᠯᠳᠠᠯᠭ᠎ᠠ ᠲᠠᠢ | ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠣᠨᠴᠠᠭᠠᠢ ᠴᠠᠭ ᠠᠭᠤᠷ ᠤᠨ ᠡᠯ᠎ᠡ ᠵᠦᠢᠯ ᠤᠨ ᠠᠷᠭᠠᠴᠠᠬᠤ ᠠᠵᠢᠯ ᠢ | ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠡᠯ᠎ᠡ | ᠲᠥᠷᠥᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠭᠤᠣᠯ ᠮᠥᠷᠡᠨ ᠤ ᠳᠠᠷᠤᠭ᠎ᠠ ᠶᠢᠨ ᠲᠦᠷᠢᠮ ᠪᠣᠯᠤᠨ ᠤᠢ ᠰᠢᠭᠤᠢ ᠡᠪᠡᠰᠦ ᠪᠡᠯᠴᠢᠭᠡᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠠᠶᠢᠲᠤᠷ ᠠᠳᠬᠤᠬᠤ ᠳᠤ ᠲᠤᠬᠢᠷᠠᠭᠤᠯᠤᠯᠳᠠ ᠬᠢᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |