ᠶᠠᠨ ᠸᠧᠨ ᠯᠦᠩ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠤᠢ ᠰᠢᠭᠤᠶ ᠶᠢ ᠲᠣᠭᠤᠷᠢᠨ ᠪᠠᠶᠢᠴᠠᠭᠠᠵᠠᠢ
ᠨᠡᠶᠢᠲᠡᠯᠡᠭᠰᠡᠨ ᠴᠠᠭ᠄
2025/4/3
      4 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠤᠢ ᠰᠢᠭᠤᠢ ᠶᠢ ᠲᠣᠭᠤᠷᠢᠨ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠤ᠋᠂ ᠯᠢᠦ ᠮᠧᠩ ᠣᠷᠣᠯᠴᠠᠪᠠ᠃      ᠶᠠᠨ ᠸᠧᠨ ᠯᠦᠩ ᠨᠠᠷ ᠤᠷᠢᠳ ᠬᠤᠵᠢᠳ ᠤᠯᠠᠭᠠᠨ ᠨᠠᠭᠤᠷ ᠪᠠᠯᠭᠠᠰᠤ ᠶᠢᠨ ᠽᠧ ᠶᠤᠸᠠᠨ ᠨᠡᠶᠢᠭᠡᠮ ᠲᠣᠭᠤᠷᠢᠭ᠂ ᠪᠡᠶ᠎ᠡ ᠶᠢᠨ ᠲᠠᠮᠢᠷ ᠤᠨ ᠬᠦᠷᠢᠶᠡᠯᠡᠩ ᠪᠣᠯᠤᠨ ᠬᠥᠪᠴᠢ  — ᠮᠤᠤᠠᠤᠰᠤ ᠶᠢᠨ ᠡᠯᠡᠰᠦᠨ ᠤ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠵᠡᠷᠭᠡ ᠭᠠᠵᠠᠷ ᠲᠤ ᠬᠦᠷᠴᠦ᠂ ᠤᠢ ᠰᠢᠭᠤᠢ ᠡᠪᠡᠰᠦ ᠪᠡᠯᠴᠢᠭᠡᠷ ᠢ ᠡᠵᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠠᠵᠢᠯ ᠤᠨ ᠠᠬᠢᠴᠠ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠰᠡᠷᠭᠡᠶᠢᠯᠡᠬᠦ ᠪᠠ ᠳᠠᠭᠠᠭᠤᠯᠢ ᠣᠳᠣᠨ ᠤ ᠠᠯᠤᠰ ᠰᠡᠷᠡᠯ ᠤᠨ ᠮᠡᠷᠭᠡᠵᠢᠯ ᠢᠶᠠᠷ ᠰᠡᠷᠭᠡᠶᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠮᠡᠳᠡᠭᠦᠯᠬᠦ ᠠᠰᠠᠭᠤᠳᠠᠯ ᠢ ᠴᠢᠩᠭ᠎ᠠ ᠪᠠᠶᠢᠴᠠᠭᠠᠨ ᠦᠵᠡᠵᠦ᠂ ᠴᠤᠬᠤᠶᠢᠮᠠᠭᠴᠠ ᠴᠣᠬᠢᠯᠲᠠ ᠥᠭᠬᠦ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠠᠤᠯᠢ ᠬᠡᠷᠡᠭᠵᠢᠭᠦᠯᠬᠦ ᠰᠦᠷᠳᠡᠭᠦᠯᠦᠯ ᠤᠨ ᠡᠷᠴᠢᠮ ᠢ ᠪᠣᠶ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠬᠤ ᠬᠡᠷᠡᠭᠲᠡᠶ᠃ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠦᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠲᠦᠷᠦᠯ ᠵᠦᠢᠯ ᠪᠣᠯᠤᠨ ᠪᠠᠷᠢᠯᠭ᠎ᠠ ᠶᠢᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠬᠢᠷᠠᠭᠤᠯᠵᠤ᠂ ᠴᠢᠬᠢ ᠮᠣᠳᠣ ᠡᠪᠡᠰᠦ ᠪᠡᠯᠴᠢᠭᠡᠷ ᠤᠨ ᠡᠳᠡᠭᠡᠷᠡᠯᠲᠡ ᠶᠢᠨ ᠨᠤᠷᠮ᠎ᠠ ᠪᠣᠯᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃    ᠶᠠᠨ ᠸᠧᠨ ᠯᠦᠩ ᠬᠡᠯᠡᠬᠦ ᠳᠡᠭᠡᠨ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠵᠣ ᠪᠠᠶᠢᠨ᠎ᠠ᠂ ᠡᠭᠦᠨ ᠤ ᠬᠠᠮᠲᠤ ᠬᠠᠩᠰᠢ ᠶᠢᠨ ᠲᠠᠬᠢᠯᠭ᠎ᠠ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠲᠡᠭᠦᠷᠭᠡ ᠶᠢᠨ ᠵᠣᠭᠠᠴᠠᠯ ᠵᠡᠷᠭᠡ ᠠᠵᠢᠯᠯᠠᠭ᠎ᠠ ᠣᠯᠠᠰᠢᠷᠠᠵᠤ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ︽ᠤᠴᠢᠷ ᠭᠠᠷᠤᠭᠰᠠᠨ ᠥᠬᠡᠶ ᠪᠣᠯ ᠳᠠᠯᠳᠠ ᠬᠡᠮ ᠥᠬᠡᠶ︾ ᠪᠠᠶᠢᠬᠤ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠣᠳᠣᠯ ᠢ ᠡᠷᠡᠰ ᠲᠡᠪᠴᠢᠵᠦ᠂ ᠪᠦᠬᠦᠯᠢ ᠡᠳᠦᠷ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠ ᠰᠥᠨᠢ ᠪᠠᠷ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠠᠩ ᠵᠠᠩᠰᠢᠯ ᠢ ᠥᠭᠡᠷᠡᠴᠢᠯᠡᠵᠦ᠂ ᠪᠣᠯᠪᠠᠰᠤᠨ ᠢᠶᠠᠷ ᠳᠠᠬᠢᠯᠭ᠎ᠠ ᠬᠢᠯᠭᠡᠵᠦ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠦᠷᠭᠡᠨ ᠳᠠᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠶ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号