ᠯᠢᠦ ᠬᠤ᠋ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/3
      4 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠵᠢᠩ ᠲᠤᠤ ᠣᠷᠣᠯᠴᠠᠪᠠ᠃      ᠯᠢᠦ ᠬᠤ᠋ ᠤᠷᠢᠳ ᠬᠤᠵᠢᠳ ᠵᠢᠶᠠ ᠷᠦᠢ ᠮᠢ᠂ ᠮᠧᠢ ᠹᠠᠩ ᠬᠡᠦᠷᠰᠢᠭᠦᠯᠬᠦ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃ ᠲᠡᠷᠡ ᠬᠡᠯᠡᠬᠦ ᠳᠡᠭᠡᠨ᠂ ᠲᠥᠷᠥᠯ ᠵᠦᠢᠯ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠢ ᠪᠣᠳᠠᠲᠠᠢ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠵᠤ᠂ ᠲᠤᠷᠰᠢᠨ ᠦᠢᠯᠡᠳᠪᠦᠷᠢᠯᠡᠬᠦ ᠠᠴᠠ ᠡᠮᠦᠨᠡᠬᠢ ᠪᠥᠬᠦ ᠲᠠᠯ᠎ᠠ ᠶᠢᠨ ᠪᠠᠶᠢᠴᠠᠭᠠᠯᠲᠠ ᠪᠠ ᠠᠮᠤᠷ ᠲᠦᠪᠰᠢᠨ ᠤ ᠲᠣᠬᠢᠷᠠᠭᠤᠯᠤᠯᠲᠠ ᠶᠢ ᠵᠡᠷᠭᠡᠪᠡᠷ ᠰᠠᠶᠢᠲᠤᠷ ᠬᠢᠵᠦ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠲᠥᠷᠥᠯ ᠵᠦᠢᠯ ᠤᠨ ᠲᠦᠷᠭᠡᠨ ᠠᠵᠢᠯ ᠡᠬᠢᠯᠡᠬᠦ᠂ ᠲᠦᠷᠭᠡᠨ ᠪᠥᠲᠥᠭᠡᠨ ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ᠂ ᠲᠦᠷᠭᠡᠨ ᠪᠦᠷᠢᠳᠬᠡᠯ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠨᠳᠤᠰᠢ ᠳᠤ ᠡᠨᠧᠷᠭᠢ ᠣᠯᠭᠤᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠯᠦᠩᠭᠦᠶ ᠪᠠᠷ ᠮᠥᠷᠳᠡᠨ ᠳᠣᠭᠢᠷᠠᠭᠤᠯᠬᠤ᠂ ᠬᠢᠨᠠᠨ ᠵᠢᠯᠣᠭᠤᠳᠴᠤ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠦᠷᠰᠢᠭᠦᠯᠬᠦ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠵᠡᠷᠭᠡ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠦᠨᠡᠨ ᠬᠦ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠲᠣᠭᠲᠠᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠪᠠᠷ ᠠᠵᠤ ᠠᠬᠤᠶᠢᠯᠠᠯ ᠢ ᠬᠠᠪᠰᠤᠷᠤᠨ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号