ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 157 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/30
      4 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 157 ᠳ᠋ᠤᠭᠠᠷ ᠬᠤᠷᠠᠯ ᠵᠢᠴᠢ ᠲᠣᠭᠤᠷᠢᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ︵ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ︶ 2025 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠣᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠷᠡᠭᠯᠡᠭᠡᠨ ᠤ ᠤᠳᠤᠷᠢᠳᠤᠮᠵᠢ ᠶᠢ ᠳᠤᠪᠤᠶᠢᠯᠭᠠᠵᠤ᠂ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠢᠳᠡᠪᠬᠢᠲᠡᠢ ᠰᠤᠷᠤᠯᠴᠠᠨ ᠬᠡᠷᠡᠭᠯᠡᠵᠦ ᠲᠤᠰᠠᠯᠠᠬᠤ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠠᠰᠠᠭᠤᠳᠠᠯ ᠢ ᠵᠠᠳᠠᠯᠤᠨ ᠰᠢᠢᠳᠪᠦᠷᠢᠯᠡᠵᠦ᠂ ᠬᠤᠪᠢ ᠬᠥᠮᠦᠨ ᠤ ᠬᠡᠪ ᠪᠣᠯᠪᠠᠰᠤᠷᠠᠯ ᠪᠣᠯᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠤ᠂ ᠨᠡᠩ ᠥᠨᠳᠥᠷ ᠲᠦᠪᠰᠢᠨ᠂ ᠨᠡᠩ ᠭᠦᠨ ᠳᠠᠪᠬᠤᠷᠭ᠎ᠠ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠵᠦ᠂ ᠨᠡᠩ ᠦᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠳᠡᠭᠡᠷ᠎ᠡ ᠦᠨᠡᠨᠬᠦ ᠨᠢᠭᠡᠳᠬᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠲᠣᠭᠲᠠᠯ ᠬᠦᠴᠦᠨ ᠢᠶᠠᠨ ᠪᠠᠲᠤᠯᠠᠵᠤ᠂ ᠬᠡᠷᠡᠭᠯᠡᠭᠡ ᠳᠤ ᠦᠢᠯᠡᠴᠢᠯᠡᠬᠦ ᠶᠢ ᠶᠡᠬᠡᠪᠡᠷ ᠬᠥᠭᠵᠢᠭᠦᠯᠬᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠭᠤᠣᠯᠳᠠᠯᠭ᠎ᠠ ᠲᠠᠢ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠵᠡᠷᠭᠡ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠰᠠᠶᠢᠵᠢᠷᠠᠬᠤ ᠬᠠᠨᠳᠤᠰᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ ᠭᠡᠵᠠᠢ᠃      ᠬᠤᠷᠠᠯ ᠠᠴᠠ ︽ᠤᠳᠠ ᠲᠣᠭᠤᠷᠢᠭ ᠤᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ 2025 ᠣᠨ ᠤ ᠭᠤᠣᠯᠳᠠᠯᠭ᠎ᠠ ᠲᠠᠢ ᠡᠭᠦᠷᠭᠡ ᠶᠢ ᠵᠠᠳᠠᠯᠬᠤ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠤᠳᠠ ᠲᠣᠭᠤᠷᠢᠭ ᠤᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号