4 ᠰᠠᠷ᠎ᠠ ᠶᠢᠨ 7 ᠤ ᠦᠳᠡ ᠶᠢᠨ ᠡᠮᠦᠨ᠎ᠡ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ | ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠸᠧᠢ ᠳ᠋ᠦᠩ ᠬᠤᠷᠠᠯ ᠢ ᠡᠷᠬᠢᠯᠡᠵᠦ᠂ ᠲᠣᠭᠤᠷᠢᠭ ᠤᠨ ᠤᠳᠤᠷᠢᠳᠤᠯᠭ᠎ᠠ ᠯᠢᠦ | ᠵᠢᠶᠠᠨ ᠵᠢᠶᠦ᠋ᠨ᠂ ᠴᠠᠩ ᠢᠦᠢ ᠭᠠᠩ᠂ ᠭᠦᠸᠧ ᠵᠢᠶᠠᠨ ᠶᠢᠩ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠡᠶᠢᠭᠡᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠨ᠎ᠡ ᠴᠠᠭ | ᠦᠶ᠎ᠡ ᠶᠢᠨ ᠨᠡᠶᠢᠭᠡᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠡᠶᠢᠭᠡᠮ ᠤᠨ ᠠᠵᠢᠯ ᠢ ᠴᠢᠨᠠᠭᠰᠢᠳᠠ ᠴᠢᠩᠭᠠᠳᠬᠠᠵᠤ᠂ ᠡᠶ᠎ᠡ ᠵᠣᠬᠢᠴᠠᠩᠭᠤᠢ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ | ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠡᠶᠢᠭᠡᠮ ᠤᠨ ᠠᠵᠢᠯ ᠤᠨ | ᠬᠡᠯᠲᠡᠰ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠤᠨ | ᠠᠵᠢᠯᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠡᠶᠢᠭᠡᠮ ᠤᠨ ᠠᠵᠢᠯ ᠤᠨ ᠰᠢᠨ᠎ᠡ ᠪᠠᠶᠢᠷᠢᠰᠢᠯ ᠢ | ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠠᠢ᠃ |