ᠯᠢᠦ ᠬᠤ᠋ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠦ ᠨᠠᠷᠠᠨ ᠣᠷᠣᠯᠴᠠᠪᠠ᠃
40.jpg     
      ᠯᠢᠦ ᠬᠤ᠋ ᠨᠠᠷ ᠤᠷᠢᠳ ᠬᠤᠵᠢᠳ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ᠂ ᠦᠬᠠᠢ ᠬᠤᠳᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠷᠭᠦᠯᠵᠢᠯᠡᠨ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠡᠮᠬᠢᠯᠡᠬᠦ ᠪᠠ ᠥᠪᠡᠰᠦᠪᠡᠨ ᠪᠠᠶᠢᠴᠠᠭᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠦᠬᠦ ᠬᠡᠯᠬᠢᠶ᠎ᠡ ᠪᠠᠷ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠠᠮᠤᠷ ᠲᠦᠪᠰᠢᠨ ᠤ ᠶᠠᠰᠤ ᠴᠢᠨᠠᠷ ᠤᠨ ᠪᠣᠭᠤᠮᠲᠠ ᠪᠣᠯᠤᠨ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠭᠤᠭᠴᠤᠭ᠎ᠠ ᠨᠢᠭᠡᠪᠦᠷᠢ ᠶᠢ ᠴᠢᠩᠭ᠎ᠠ ᠠᠳᠬᠤᠵᠤ᠂ ᠳᠤᠲᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠠᠮᠤᠷ ᠲᠦᠪᠰᠢᠨ ᠤ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠰᠤᠷᠤᠭᠴᠢᠳ ᠤᠨ ︽ᠰᠠᠶᠢᠨ ᠢᠳᠡᠬᠦ︾︽ᠰᠠᠶᠢᠬᠠᠨ ᠢᠳᠡᠬᠦ︾ ᠶᠢ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠠᠪᠰᠤᠷᠤᠨ ᠲᠣᠭᠲᠠᠭᠠᠬᠤ ᠪᠠ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠬᠤ ᠠᠵᠢᠯ ᠤᠨ ᠬᠤᠳᠠᠯᠳᠤᠨ ᠠᠪᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠵᠦ᠂ ᠰᠠᠶᠢᠨ ᠳᠤᠷ᠎ᠠ ᠠᠴᠠ ᠪᠠᠨ ᠰᠣᠩᠭᠤᠨ ᠬᠤᠳᠠᠯᠳᠤᠨ ᠠᠪᠬᠤ ᠵᠠᠷᠴᠢᠮ ᠢ ᠵᠥᠷᠢᠴᠡᠵᠦ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠨᠡᠮᠡᠭᠳᠡᠭᠦᠯᠦᠨ᠂ ᠬᠡᠷ ᠤᠨ ᠠᠬᠠᠮᠠᠳ ᠤᠨ ᠠᠵᠤ ᠠᠬᠤᠶ ᠶᠢᠨ ᠳᠠᠷᠤᠭᠠᠰᠤ ᠶᠢ ᠬᠦᠨᠳᠦᠷᠡᠭᠦᠯᠦᠭᠰᠡᠨ ᠲᠥᠪ ᠪᠤᠰᠤ ᠰᠤᠷᠲᠠᠯ ᠢ ᠴᠢᠩᠭ᠎ᠠ ᠵᠠᠯᠠᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ︽ᠨᠢᠭᠡ ᠮᠥᠩᠭᠦ ᠭᠤᠷᠪᠠᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠬᠥᠲᠥᠯᠥᠨ ᠵᠢᠯᠣᠭᠤᠳᠴᠤ᠂ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠶ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号