ᠶᠠᠨ ᠸᠧᠨ ᠯᠦᠩ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠬᠠᠨ ᡁᠢ ᠯᠢᠨ ᠣᠷᠣᠯᠴᠠᠪᠠ᠃      ᠶᠠᠨ ᠸᠧᠨ ᠯᠦᠩ ᠨᠠᠷ ᠤᠷᠢᠳ ᠬᠤᠵᠢᠳ ᠠᠭᠤᠷᠬᠠᠢ ᠶᠢᠨ ᠣᠷᠣᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠲᠣᠭᠤᠰᠣ ᠰᠢᠷᠣᠢ ᠶᠢ ᠵᠠᠰᠠᠬᠤ᠂ ᠭᠠᠯ ᠤᠨ ᠴᠢᠭ ᠢᠶᠠᠨ ᠥᠪᠡᠷ ᠢᠶᠠᠨ ᠰᠢᠲᠠᠭᠠᠬᠤ ᠶᠢ ᠵᠠᠰᠠᠬᠤ ᠪᠠ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠪᠣᠳᠠᠲᠠᠢ ᠳᠤ ᠦᠨᠳᠦᠰᠦᠯᠡᠨ ᠵᠥᠷᠢᠶ᠎ᠡ ᠪᠠᠨ ᠡᠷᠢᠵᠦ᠂ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ᠃ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠴᠢᠩᠭ᠎ᠠ ᠠᠩᠬᠠᠷᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠨᠠᠩ ᠴᠢᠬᠤᠯᠠᠴᠢᠯᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠳ᠋ᠤᠭᠠᠷ ᠬᠠᠰᠤᠬᠤ ᠪᠣᠭᠤᠮᠲᠠ ᠶᠢ ᠴᠢᠩᠭ᠎ᠠ ᠰᠠᠬᠢᠵᠤ᠂ ᠴᠠᠭ ᠲᠤᠬᠠᠶ ᠳᠤᠨᠢ ᠪᠠᠬᠢᠵᠢᠭᠦᠯᠦᠨ ᠳᠡᠭᠡᠭᠰᠢᠯᠡᠭᠦᠯᠬᠦ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠴᠥᠭᠦᠷᠥᠮ ᠤᠨ ᠡᠳᠦᠷ ᠲᠤᠲᠤᠮ ᠤᠨ ᠪᠠᠶᠢᠳᠠᠯ ᠳᠣᠤᠷ᠎ᠠ ᠬᠡᠪ ᠤᠨ ᠪᠠᠶᠢᠳᠠᠯ ᠢᠶᠠᠨ ᠪᠠᠲᠤᠯᠠᠬᠤ ᠶᠢ ᠦᠨᠡᠨᠬᠦ ᠪᠠᠲᠤᠯᠠᠵᠤ᠂ ᠨᠠᠮᠬᠠᠳᠬᠠᠯ ᠤᠨ ᠪᠠᠭᠲᠠᠭᠠᠮᠵᠢ ᠶᠢ ᠭᠦᠢᠴᠡᠳ ᠦᠯᠡᠳᠡᠭᠡᠬᠦ ᠬᠡᠷᠡᠭᠲᠡᠶ᠃ ᠠᠭᠤᠷᠬᠠᠶ ᠶᠢᠨ ᠣᠷᠣᠨ ᠤ ᠨᠡᠭᠦᠷᠡᠰᠦᠨ ᠳᠠᠪᠬᠤᠷᠭ᠎ᠠ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠥᠪᠡᠰᠦᠪᠡᠨ ᠨᠣᠴᠣᠬᠤ ᠪᠠ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠠᠶ ᠶᠢᠨ ᠭᠠᠯ ᠤᠨ ᠴᠢᠭ ᠢ ᠵᠠᠰᠠᠬᠤ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠥᠳᠡᠯᠦᠩᠭᠦᠶ ᠪᠠᠷ ᠦᠭᠡᠶᠢᠰᠬᠡᠬᠦ ᠶᠢ ᠪᠡᠶᠡᠯᠡᠭᠦᠯᠬᠦ ᠬᠡᠷᠡᠭᠲᠡᠶ᠃ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠷᠢᠶ᠎ᠠ ᠭᠠᠵᠠᠷ ᠤᠨ ᠬᠠᠮᠵᠢᠯᠴᠠᠨ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠢᠵᠠᠭᠠᠷᠯᠠᠬᠤ᠂ ᠦᠵᠦᠭᠦᠷ ᠢ ᠴᠢᠩᠭ᠎ᠠ ᠵᠠᠰᠠᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠴᠢᠳᠬᠤᠬᠤ ᠪᠠ ᠲᠡᠭᠡᠭᠡᠪᠦᠷᠢᠯᠡᠬᠦ ᠳᠤᠮᠳᠠ ᠨᠢᠭᠲᠠ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠲᠣᠭᠤᠰᠣ ᠰᠢᠷᠣᠢ ᠶᠢᠨ ᠪᠣᠬᠢᠷᠲᠤᠯ᠂ ᠵᠠᠮ ᠤᠨ ᠭᠠᠳᠠᠷᠭᠤ ᠶᠢᠨ ᠪᠣᠬᠢᠷᠲᠤᠯ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号