4 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠯᠢᠦ ᠬᠤ᠋ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ | ᠤᠳᠤᠷᠢᠳᠤᠯᠭ᠎ᠠ ᠯᠢᠦ ᠵᠢᠶᠠᠨ ᠵᠢᠶᠦ᠋ᠨ᠂ ᠯᠢᠦ ᠮᠧᠩ᠂ ᠲᠢᠶᠠᠨ ᠵᠢᠶᠧ ᠣᠷᠣᠯᠴᠠᠪᠠ᠃ | ᠢ ᠺᠠᠩ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ᠂ ᠫᠢᠩ ᠴᠢᠩ ᠬᠡᠢ ᠪᠡᠶᠡᠲᠦ᠂ ᠢ ᠬᠤᠸᠠ ᠵᠢᠢ | ᠬᠤᠸᠠᠩ ᠰᠧ ᠠᠯᠺᠣᠣᠯ ᠤᠨ ᠲᠥᠷᠥᠯ ᠵᠦᠢᠯ ᠵᠡᠷᠭᠡ ᠭᠠᠵᠠᠷ ᠲᠤ᠂ ᠯᠢᠦ ᠬᠤ᠋ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ | ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ | ᠲᠡᠪᠴᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ | ᠵᠠᠰᠠᠬᠤ ᠶᠢ ᠭᠦᠨᠵᠡᠭᠡᠢ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ᠂ ᠴᠠᠬᠢᠯᠭᠠᠨ | ᠬᠡᠷᠡᠭᠯᠡᠬᠦ᠂ ᠭᠠᠯ ᠤᠨᠲᠠᠷᠠᠭᠠᠬᠤ ᠠᠮᠤᠷ ᠲᠦᠪᠰᠢᠨ ᠪᠣᠯᠤᠨ ᠵᠢᠵᠢᠭᠦᠷᠯᠡᠨ ᠰᠠᠬᠢᠬᠤ ᠵᠡᠷᠭᠡ ᠠᠵᠢᠯ ᠤᠨ ᠡᠳᠦᠷ | ᠲᠤᠳᠤᠮ ᠤᠨ ᠲᠣᠭᠤᠷᠢᠨ ᠪᠠᠶᠢᠴᠠᠭᠠᠬᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠢᠨᠠᠯᠲᠠ ᠲᠠᠯᠪᠢᠵᠤ ᠪᠠᠶᠢᠴᠠᠭᠠᠬᠤ | ᠡᠷᠴᠢᠮ ᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠪᠣᠯᠤᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ | ᠳᠡᠭᠡᠭᠰᠢᠯᠡᠭᠦᠯᠵᠦ᠂ ᠨᠠᠰᠤᠲᠠᠶᠢᠴᠤᠳ ᠲᠤ ᠨᠡᠩ ᠠᠮᠤᠷ ᠲᠦᠪᠰᠢᠨ ᠲᠠᠭᠠᠯᠠᠮᠵᠢᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠨᠣᠴᠣᠮᠠᠲᠠᠭᠠᠶ ᠳᠡᠯᠪᠡᠷᠡᠮᠡᠲᠡᠭᠡᠶ ᠬᠡᠢ ᠪᠡᠶᠡᠲᠦ ᠶᠢ ᠬᠠᠳᠠᠭᠠᠯᠠᠬᠤ᠂ | ᠠᠴᠢᠶᠠᠯᠠᠵᠤ ᠪᠠᠭᠤᠯᠭᠠᠬᠤ᠂ ᠡᠵᠡᠩᠨᠡᠬᠦ ᠵᠡᠷᠭᠡ ᠵᠠᠩᠭᠢᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ᠂ | ᠭᠤᠤᠯᠳᠠᠯᠭ᠎ᠠ ᠲᠠᠢ ᠣᠷᠣᠨ ᠪᠠᠶᠢᠷᠢ ᠳᠤ ᠬᠢᠨᠠᠨ ᠬᠡᠮᠵᠢᠬᠦ ᠶᠢ ᠰᠠᠶᠢᠲᠤᠷ ᠬᠢᠬᠦ ᠬᠡᠷᠡᠭᠲᠡᠶ᠃ ᠲᠤᠬᠠᠶ ᠶᠢᠨ ᠲᠠᠯᠠᠪᠤᠷ ᠤᠨ | ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠥᠨᠳᠥᠷ ᠣᠭᠲᠠᠷᠭᠤᠶ ᠳᠤ ᠤᠨᠠᠬᠤ᠂ ᠭᠠᠯ ᠴᠠᠬᠢᠯᠭᠠᠨ ᠬᠡᠷᠡᠭᠯᠡᠬᠦ | ᠵᠡᠷᠭᠡ ᠣᠯᠠᠨ ᠡᠭᠦᠰᠴᠦ᠂ ᠠᠮᠠᠷᠬᠠᠨ ᠡᠭᠦᠰᠬᠦ ᠠᠳᠡᠯ ᠤᠨ ᠲᠥᠷᠥᠯ ᠬᠡᠯᠪᠡᠷᠢ ᠶᠢ ᠭᠤᠤᠯᠳᠠᠯᠭ᠎ᠠ ᠲᠠᠢ ᠰᠡᠷᠭᠡᠶᠢᠯᠡᠵᠦ᠂ | ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ | ᠭᠠᠵᠠᠷ ᠤᠨ ᠠᠶᠤᠯ ᠥᠬᠡᠶ ᠦᠢᠯᠡᠳᠪᠦᠷᠢᠯᠡᠯ ᠪᠠ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠠᠵᠢᠯ ᠢ ᠦᠨᠡᠨ ᠬᠦ | ᠰᠠᠶᠢᠲᠤᠷ ᠬᠢᠬᠦ ᠬᠡᠷᠡᠭᠲᠡᠶ᠃ ᠤᠬᠠᠭᠤᠯᠭ᠎ᠠ ᠶᠢᠨ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠠᠮ | ᠬᠠᠷᠢᠯᠴᠠᠭᠠᠨ ᠤ ᠲᠤᠬᠢᠷᠠᠭᠤᠯᠤᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠴᠠᠭᠳᠠᠭ᠎ᠠ ᠶᠢ ᠣᠯᠵᠤ ᠬᠠᠷᠠᠬᠤ ᠨᠤᠷᠮ᠎ᠠ᠂ | ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠳᠡᠯ ᠭᠠᠷᠬᠤ ᠶᠢ | ᠪᠦᠬᠦ ᠬᠦᠴᠦᠨ ᠢᠶᠠᠷ ᠢᠶᠠᠨ ᠰᠡᠷᠭᠡᠶᠢᠯᠡᠨ ᠪᠠᠭᠠᠰᠬᠠᠬᠤ ᠬᠡᠷᠡᠭᠲᠡᠢ ᠭᠡᠵᠠᠢ᠃ |