ᠯᠢᠦ ᠬᠤ᠋ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠤᠢ ᠰᠢᠭᠤᠢ ᠶᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2025/5/12
      5 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠤᠷᠢᠳ ᠬᠤᠵᠢᠳ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠭᠤᠷᠬᠠᠢ ᠶᠢᠨ ᠣᠷᠣᠨ ᠳᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠤᠢ ᠰᠢᠭᠤᠢ ᠶᠢ ᠲᠣᠭᠤᠷᠢᠨ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠯᠢᠦ ᠮᠧᠩ᠂ ᠬᠤ᠋ ᠲᠢᠶᠠᠨ ᠸᠧᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠵᠢᠩ ᠲᠤᠤ ᠣᠷᠣᠯᠴᠠᠪᠠ᠃      ᠯᠢᠦ ᠬᠤ᠋ ᠬᠡᠯᠡᠬᠦ ᠳᠡᠭᠡᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠵᠢᠴᠢ ᠳᠡᠭᠡᠳᠦ ᠱᠠᠲᠤᠨ ᠤ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠥᠷᠳᠡᠨ ᠰᠢᠮᠳᠠᠭᠤᠯᠤᠨ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠤᠨ᠂ ᠬᠠᠶᠠᠭᠳᠠᠮᠠᠯ ᠬᠡᠢ ᠶᠢ ᠴᠤᠭᠯᠠᠭᠤᠯᠬᠤ᠂ ᠰᠢᠢᠳᠪᠦᠷᠢᠯᠡᠵᠦ ᠡᠬᠢ ᠡᠭᠦᠰᠦᠯ ᠢ ᠨᠢ ᠡᠷᠢᠵᠦ ᠵᠢᠭᠰᠠᠭᠠᠨ ᠪᠠᠶᠢᠴᠠᠭᠠᠬᠤ ᠶᠢ ᠭᠦᠨᠵᠡᠭᠡᠶ ᠥᠷᠨᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢ ᠭᠦᠨᠵᠡᠭᠡᠢ ᠵᠠᠰᠠᠬᠤ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠣᠨᠳᠣᠣ ᠦᠨᠦᠷ ᠲᠠᠢ ᠣᠶᠤᠨᠴᠢ ᠬᠠᠮᠢᠶᠠᠷᠤᠨ ᠡᠵᠡᠮᠳᠡᠬᠦ ᠲᠠᠪᠴᠠᠩ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠬᠢᠷᠲᠤᠯ ᠤᠨ ᠡᠬᠢ ᠰᠤᠷᠪᠤᠯᠵᠢ ᠶᠢᠨ ᠬᠢᠨᠠᠯᠲᠠ ᠬᠠᠮᠢᠶᠠᠷᠤᠯᠲᠠ ᠳᠤ ᠨᠠᠷᠢᠯᠢᠭ ᠣᠨᠣᠴᠠᠲᠠᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠣᠨᠳᠣᠣ ᠦᠨᠦᠷ ᠲᠠᠢ ᠵᠠᠰᠠᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ ᠬᠡᠦᠷᠰᠢᠭᠦᠯᠬᠦ ᠠᠵᠤ ᠠᠬᠤᠶᠢᠯᠠᠯ ᠤᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠴᠡᠪᠡᠷ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠡᠨᠧᠷᠭᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠤᠣᠰ ᠰᠢᠯᠢᠳᠡᠭ ᠪᠣᠯᠬᠤ ᠶᠢ ᠠᠬᠢᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠡᠷᠴᠢᠮ ᠢ ᠦᠨᠡᠨᠬᠦ ᠪᠠᠭᠤᠷᠠᠭᠤᠯᠬᠤ ᠬᠡᠷᠡᠭᠲᠡᠢ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠦᠢᠯᠡᠳᠪᠦᠷᠢᠯᠡᠬᠦ᠂ ᠠᠴᠢᠶᠠᠯᠠᠵᠤ ᠪᠠᠭᠤᠯᠭᠠᠬᠤ᠂ ᠲᠡᠭᠡᠭᠡᠪᠦᠷᠢᠯᠡᠬᠦ ᠶᠠᠪᠤᠴᠠ ᠳᠠᠬᠢ ᠲᠣᠭᠤᠰᠣ ᠳᠡᠭᠳᠡᠬᠦ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠵᠠᠮ ᠤᠨ ᠬᠤᠶᠠᠷ ᠬᠠᠵᠠᠭᠤ ᠶᠢᠨ ᠪᠤᠵᠠᠷ ᠰᠠᠮᠠᠭᠤᠨ ᠮᠠᠭᠤ ᠶᠢ ᠵᠠᠰᠠᠬᠤ᠂ ᠠᠭᠤᠷᠬᠠᠢ ᠶᠢᠨ ᠣᠷᠣᠨ ᠤ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠬᠦ ᠵᠢᠴᠢ ᠬᠤᠲᠣᠭᠤᠷ ᠭᠠᠵᠠᠷ ᠢ ᠲᠡᠭᠰᠢᠯᠡᠨ ᠵᠠᠰᠠᠬᠤ᠂ ᠬᠠᠵᠠᠭᠤ ᠪᠠᠯ ᠤᠨ ᠲᠣᠭᠤᠰᠣ ᠶᠢ ᠰᠡᠷᠭᠡᠶᠢᠯᠡᠬᠦ ᠲᠣᠣᠷ ᠤᠨ ᠪᠦᠷᠢᠨ ᠪᠦᠷᠬᠦᠪᠴᠢ ᠪᠣᠯᠤᠨ ᠠᠮᠢ ᠠᠬᠤᠢ ᠶᠢᠨ ᠤᠷᠭᠤᠮᠠᠯ ᠤᠨ ᠬᠤᠴᠢᠯᠭ᠎ᠠ ᠶᠢ ᠨᠡᠶᠢᠯᠡᠭᠦᠯᠦᠨ ᠰᠡᠷᠭᠡᠶᠢᠯᠡᠨ ᠬᠠᠮᠠᠭᠠᠯᠠᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠠᠭᠤᠷᠬᠠᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠶᠢ ᠨᠢᠭᠡᠳᠦᠯᠲᠡᠢ ᠲᠥᠯᠥᠪᠵᠢᠭᠦᠯᠦᠨ ᠪᠡᠶᠡᠯᠡᠭᠦᠯᠬᠦ ᠬᠡᠷᠡᠭᠲᠡᠢ᠃ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠥᠮᠦᠨ ᠤ ᠬᠦᠴᠦᠨ ᠪᠣᠯᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠤᠢ ᠮᠣᠳᠣᠨ ᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠡᠩ ᠤᠯᠠᠨ ᠤᠳᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号