5 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠯᠢᠦ ᠬᠤ᠋ ᠬᠤᠲᠠ ᠶᠢᠨ ᠲᠣᠭᠤᠷᠢᠭ᠂ ᠲᠠᠷᠢᠶᠠᠯᠠᠬᠤ ᠣᠷᠣᠨ᠂ ᠠᠭᠤᠷᠬᠠᠢ ᠶᠢᠨ ᠣᠷᠣᠨ ᠳᠤ ᠬᠦᠷᠴᠦ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ | ᠲᠤᠬᠠᠢ ᠶᠢᠨ ᠲᠠᠯᠠᠪᠤᠷ ᠲᠤ ᠠᠯᠪᠠᠯᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠳᠤᠴᠠ ᠪᠠᠨ | ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠮᠧᠩ | ᠣᠷᠣᠯᠴᠠᠪᠠ᠃ | ᠯᠢᠦ ᠬᠤ᠋ ᠬᠡᠯᠡᠭᠰᠡᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠪᠠᠲᠤᠲᠠᠢ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ | ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠠᠰᠠᠭᠤᠳᠠᠯ ᠢ ᠴᠢᠩᠭ᠎ᠠ ᠠᠩᠬᠠᠷᠴᠤ᠂ ᠶᠡᠷᠦᠩᠬᠡᠶᠢᠯᠡᠭᠰᠡᠨ | ᠠᠷᠭ᠎ᠠ ᠪᠤᠳᠤᠯᠭ᠎ᠠ ᠬᠡᠷᠡᠭᠵᠢᠭᠦᠯᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ︽ᠤᠰᠤ ᠪᠠᠷ ᠲᠦᠷᠪᠡ ᠶᠢ ᠲᠣᠭᠲᠠᠭᠠᠬᠤ︾ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠭᠤᠣᠯ ᠤᠨ ᠵᠠᠮ ᠤᠨ | ︽ᠲᠦᠷᠪᠡᠨ ᠳᠤᠷ᠎ᠠ︾ ᠢ ᠴᠡᠪᠡᠷᠯᠡᠬᠦ᠂ ᠪᠣᠬᠢᠷ ᠤᠰᠤ ᠶᠢ ᠵᠠᠰᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠ ︽ᠪᠤᠴᠠᠵᠤ ᠪᠠᠶᠢᠴᠠᠭᠠᠨ ᠦᠵᠡᠬᠦ︾ ᠠᠵᠢᠯ ᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠥᠷᠨᠢᠭᠦᠯᠵᠦ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠳᠠ ᠦᠭᠡᠢ | ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠣᠲᠣ ᠦᠶ᠎ᠡ ᠶᠢᠨ ᠥᠨᠳᠥᠷ ᠪᠦᠲᠦᠮᠵᠢᠲᠡᠶ ᠠᠮᠢ ᠠᠬᠤᠶ ᠶᠢᠨ ᠣᠷᠴᠢᠯ | ᠲᠠᠷᠢᠶᠠᠯᠠᠩ ᠤᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢ ᠤᠯᠠᠮ | ᠨᠢᠭᠡ ᠠᠯᠬᠤᠮ ᠵᠢᠷᠤᠮᠵᠢᠭᠤᠯᠤᠨ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ | ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠶᠢ ᠰᠠᠶᠢᠲᠤᠷ ᠠᠳᠬᠤᠵᠤ᠂ ᠳᠠᠷᠢᠵᠤ ᠲᠡᠵᠢᠭᠡᠬᠦ ᠶᠢ ᠡᠷᠭᠢᠯᠳᠦᠭᠦᠯᠬᠦ᠂ | ᠬᠠᠷᠢᠯᠴᠠᠨ ᠠᠬᠢᠭᠤᠯᠵᠤ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ᠂ ᠪᠠᠭᠠᠰᠤᠨ ᠪᠣᠬᠢᠷᠲᠤᠯ ᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠠᠰᠢᠭᠯᠠᠬᠤ ᠶᠢ ᠪᠠᠲᠤᠯᠠᠬᠤ ᠬᠡᠷᠡᠭᠲᠡᠶ᠃ ᠠᠭᠤᠷᠬᠠᠢ ᠶᠢᠨ ᠣᠷᠣᠨ ᠤ ᠠᠮᠢ ᠠᠬᠤᠢ ᠶᠢ | ᠰᠡᠷᠭᠦᠭᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠭᠤᠷᠬᠠᠢ ᠶᠢᠨ ᠣᠷᠣᠨ ᠤ ᠵᠠᠮ ᠳᠠᠭᠠᠤ ᠶᠢᠨ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠳᠡᠭᠡᠷᠡᠬᠢ ᠤᠰᠤ ᠤᠨᠳᠤᠷᠠᠨ ᠠᠰᠢᠭᠯᠠᠬᠤ ᠶᠢ | ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠠᠬᠢᠯᠭ᠎ᠠ | ᠪᠠᠲᠤ ᠶᠢ ᠬᠡᠷᠡᠭᠵᠢᠭᠦᠯᠵᠦ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ︽ᠥᠨᠴᠥᠭ ᠪᠤᠯᠤᠩ ᠦᠭᠡᠢ᠂ ᠣᠷᠬᠢᠭᠳᠠᠭᠤᠯᠬᠤ | ᠦᠭᠡᠢ᠂ ᠰᠣᠬᠤᠷ ᠪᠠᠯᠠᠢ ᠣᠷᠣᠨ ᠦᠭᠡᠢ︾ ᠶᠢ ᠴᠡᠭᠴᠡᠯᠡᠨ ᠵᠠᠰᠠᠬᠤ ᠶᠢ ᠪᠠᠲᠤᠯᠠᠵᠤ᠂ ᠤᠳᠠ ᠶᠢᠨ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠤ ᠳᠤᠮᠳᠠ ᠰᠠᠶᠢᠵᠢᠷᠠᠵᠤ᠂ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠬᠡᠷᠡᠭᠲᠡᠢ ᠭᠡᠵᠠᠢ᠃ |