5 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠸᠧᠢ ᠳ᠋ᠦᠩ᠂ ᠰᠢᠤᠢ | ᠢ ᠱᠤ᠋ ᠣᠷᠣᠯᠴᠠᠪᠠ᠃ | ᠪᠢᠨᠬᠠᠢ ᠨᠡᠶᠢᠭᠡᠮ ᠲᠣᠭᠤᠷᠢᠭ᠂ ᠪᠦᠯᠬᠦᠮᠳᠡᠯ ᠨᠡᠶᠢᠭᠡᠮ ᠲᠣᠭᠤᠷᠢᠭ ᠲᠤ᠂ ᠶᠠᠨ ᠸᠧᠨ ᠯᠦᠩ ᠵᠡᠭᠡᠯᠢ | ᠭᠤᠳᠤᠮᠵᠢ ᠶᠢᠨ ᠨᠡᠶᠢᠭᠡᠮ ᠲᠣᠭᠤᠷᠢᠭ ᠤᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠷᠤᠯᠴᠠᠯᠭ᠎ᠠ | ᠬᠥᠮᠦᠵᠢᠯ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ | ᠬᠡᠯᠡᠭᠰᠡᠨ ᠨᠢ᠂ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ︽ᠬᠥᠷᠰᠢ ᠵᠡᠷᠭᠡᠯᠡᠳᠡᠭᠡ︾︽ᠨᠡᠭᠦᠳᠡᠯ ᠠᠯᠪᠠᠨ ᠰᠢᠷᠡᠭᠡ︾ ᠵᠡᠷᠭᠡ ᠨᠠᠮ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠢ ᠦᠷᠭᠦᠯᠵᠢᠯᠡᠨ ᠴᠡᠪᠡᠷᠰᠢᠭᠦᠯᠵᠦ᠂ ᠰᠤᠷᠤᠯᠴᠠᠯᠭ᠎ᠠ ᠶᠢᠨ ᠶᠠᠰᠤ ᠴᠢᠨᠠᠷ ᠲᠠᠢ᠂ | ᠪᠠᠶᠢᠴᠠᠭᠠᠯᠲᠠ ᠶᠢᠨ ᠡᠷᠴᠢᠮ ᠲᠠᠢ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠵᠤ᠂ ᠨᠠᠮ ᠤᠨ | ᠭᠡᠰᠢᠭᠦᠨ ᠺᠠᠳ᠋ᠷ ᠤᠨ ᠰᠤᠷᠲᠠᠯ ᠤᠨ ᠴᠢᠳᠠᠪᠤᠷᠢ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠪᠣᠯᠤᠨ | ᠠᠷᠠᠳ ᠲᠦᠮᠡᠨ ᠳᠤ ᠦᠢᠯᠡᠴᠢᠯᠡᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠤ ᠺᠠᠳ᠋ᠷᠴᠤᠳ ᠢ ᠬᠡᠷᠡᠭ ᠦᠭᠡᠢ ᠬᠡᠷᠡᠭ | ᠶᠠᠪᠤᠳᠠᠯ ᠠᠴᠠ ᠰᠠᠯᠭᠠᠵᠤ᠂ ᠨᠡᠩ ᠤᠯᠠᠨ ᠴᠠᠭ ᠬᠤᠭᠤᠴᠠᠭ᠎ᠠ᠂ ᠨᠡᠩ ᠤᠯᠠᠨ ᠤᠶᠤᠨ ᠴᠢᠳᠠᠯ ᠢᠶᠠᠷ ᠦᠨᠳᠦᠰᠦᠨ | ᠱᠠᠲᠤᠨ ᠳᠤ ᠦᠢᠯᠡᠴᠢᠯᠡᠬᠦ ᠡᠴᠦᠰ ᠤᠨ ᠨᠢᠭᠡ ᠮᠧᠲᠷ ᠢ ᠨᠡᠪᠲᠡᠷᠡᠭᠦᠯᠵᠦ᠂ ᠤᠯᠠᠨ ᠲᠦᠮᠡᠨ ᠤ ᠰᠠᠨᠠᠭᠠᠨ ᠳᠤ ᠬᠦᠷᠬᠦ | ᠪᠣᠯᠭᠠᠬᠤ ᠬᠡᠷᠡᠭᠲᠡᠢ ᠭᠡᠵᠠᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤ᠂ | ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠪᠠ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠳᠤ᠂ ᠶᠠᠨ ᠸᠧᠨ ᠯᠦᠩ ᠲᠥᠪᠯᠡᠷᠡᠭᠦᠯᠦᠨ ᠴᠡᠭᠴᠡᠯᠡᠨ ᠵᠠᠰᠠᠬᠤ᠂ ᠰᠤᠷᠤᠯᠴᠠᠯᠭ᠎ᠠ ᠬᠥᠮᠦᠵᠢᠯ ᠪᠠ ᠠᠷᠠᠳ ᠲᠤ | ᠲᠦᠬᠦᠮ ᠦᠵᠡᠭᠦᠯᠬᠦ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠴᠣᠩᠬᠤᠨ ᠤ | ᠠᠵᠢᠯ ᠨᠢ ᠡᠳᠦᠷ ᠪᠦᠷᠢ ᠣᠯᠠᠨ ᠲᠦᠮᠡᠨ ᠳᠤ ᠰᠢᠭᠤᠳ ᠬᠠᠨᠳᠤᠵᠤ᠂ ᠲᠥᠯᠥᠭᠡᠯᠡᠭᠴᠢ ᠨᠢ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠳᠦᠷᠢ ᠲᠥᠷᠬᠦ ᠶᠢ ᠲᠥᠯᠥᠭᠡᠯᠡᠵᠤ᠂ ᠣᠯᠠᠨ ᠲᠦᠮᠡᠨ ᠳᠤ ᠦᠢᠯᠡᠴᠢᠯᠡᠬᠦ ᠠᠵᠢᠯ ᠢ | ᠬᠦᠯᠢᠴᠡᠩᠭᠦᠶ ᠨᠠᠷᠢᠨ ᠨᠢᠮᠪᠠᠶ ᠰᠠᠶᠢᠲᠤᠷ ᠬᠢᠵᠦ᠂ ᠲᠣᠮᠣ ᠳ᠋ᠠᠶᠢᠲ᠋ᠠ ᠪᠠᠷ ᠳᠠᠮᠵᠢᠨ ᠮᠡᠳᠡᠭᠡ ᠵᠠᠩᠭᠢ ᠶᠢ ᠦᠨᠡᠨ ᠬᠦ | ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠬᠡᠷᠬᠢᠨ ᠴᠠᠭ ᠲᠤᠲᠠᠭᠤ ᠰᠡᠳᠬᠢᠯ | ᠬᠠᠨᠣᠮᠵᠢ ᠲᠠᠢ ᠪᠣᠯ ᠶᠠᠭᠠᠬᠢᠵᠦ ᠢᠷᠡᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ | ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠷᠠᠳ ᠣᠯᠠᠨ ᠤ ᠡᠷᠡᠭᠦᠯ | ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠣᠭᠤᠷᠢᠨ ᠳᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ᠂ ᠬᠢᠨᠠᠯᠲᠠ ᠲᠠᠯᠪᠢᠬᠤ ᠵᠡᠷᠭᠡ ᠭᠤᠤᠯᠳᠠᠯᠭ᠎ᠠ ᠲᠠᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠢᠯᠡᠳᠦᠯ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠪᠠ ᠡᠮᠴᠢᠯᠡᠭᠡᠨ ᠤ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠣᠯᠠᠨ ᠲᠦᠮᠡᠨ ᠳᠤ ᠨᠠᠩ | ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠬᠤ ᠬᠡᠷᠡᠭᠲᠡᠶ ᠭᠡᠵᠠᠢ᠃ |