ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠵᠢᠷᠭᠤᠭᠠᠨ ᠠᠵᠢᠯᠯᠠᠭ᠎ᠠ︾ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠰ ᠤᠨ ᠪᠦᠲᠦᠴᠡ ᠪᠣᠯᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠶᠢᠨ ᠬᠠᠮᠲᠤ᠂ ᠨᠢᠭᠡ ᠪᠦᠯᠦᠭ ᠴᠢᠨᠠᠷ ᠰᠠᠶᠢᠲᠠᠢ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠨᠥᠭᠡᠴᠡᠯᠡᠵᠦ᠂ ᠨᠡᠩ ᠤᠯᠠᠨ ︽ᠬᠤᠶᠠᠷ ᠢ ᠴᠢᠬᠤᠯᠠᠴᠢᠯᠠᠬᠤ︾︽ᠬᠤᠶᠠᠷ ᠰᠢᠨ᠎ᠡ︾ ᠵᠡᠷᠭᠡ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ᠃ ᠦᠯᠡᠳᠡᠭᠡᠯ ᠬᠡᠮᠵᠢᠶ᠎ᠡ ᠶᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠪᠠ ᠨᠡᠮᠡᠭᠳᠡᠯ ᠤᠨ ᠪᠦᠲᠦᠴᠡ ᠶᠢ ᠲᠣᠬᠢᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠨᠠᠶᠢᠳᠠᠪᠤᠷᠢᠵᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠰᠠᠶᠢᠲᠤᠷ ᠠᠳᠬᠤᠵᠤ᠂ ᠥᠪᠥᠷ ᠮᠣᠩᠭᠤᠯ ᠤᠨ ᠨᠡᠭᠦᠷᠡᠰᠦ ᠪᠠᠷ ᠰᠢᠨᠵᠢᠶᠠᠩ ᠳᠤ ᠣᠷᠣᠭᠤᠯᠬᠤ ᠵᠠᠮ ᠢ ᠶᠡᠬᠡᠪᠡᠷ ᠥᠷᠭᠡᠳᠬᠡᠨ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠶ᠃ ︽ᠨᠢᠭᠡ ᠠᠵᠤ ᠠᠬᠤᠶᠢᠯᠠᠯ ᠨᠢᠭᠡ ᠬᠠᠮᠢᠶᠠᠷᠤᠭᠴᠢ︾ ᠶᠢᠨ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠵᠡᠷᠭᠡ ᠭᠤᠣᠯᠳᠠᠯᠭ᠎ᠠ ᠲᠠᠢ ᠠᠵᠢᠯ ᠢ ᠥᠨᠳᠥᠷ ᠪᠦᠲᠦᠮᠵᠢᠲᠡᠢ ᠤᠨᠢᠨ ᠳᠡᠭᠡᠷ᠎ᠡ ᠨᠢ ᠦᠢᠯᠡᠴᠢᠯᠡᠬᠦ ᠬᠡᠷᠡᠭᠲᠡᠢ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠰᠤᠷᠪᠤᠯᠵᠢ ᠶᠢ ᠨᠡᠭᠡᠭᠡᠬᠦ᠂ ᠤᠷᠤᠰᠬᠠᠯ ᠢ ᠠᠷᠪᠢᠯᠠᠬᠤ᠂ ᠳᠠᠯᠳᠠ ᠬᠦᠴᠦᠨ ᠢ ᠢᠯᠡᠷᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠢᠯ ᠲᠦᠷᠦᠯ᠂ ᠬᠦᠷᠢᠶ᠎ᠡ ᠬᠡᠪᠴᠢᠶ᠎ᠡ ᠬᠤᠪᠢᠶᠠᠨ ᠨᠠᠷᠢᠨ ᠲᠠᠩᠰᠠ ᠶᠢ ᠰᠠᠶᠢᠲᠤᠷ ᠪᠤᠳᠤᠵᠤ᠂ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ ᠰᠠᠶᠢᠲᠤᠷ ᠬᠠᠮᠢᠶᠠᠷᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠦᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠵᠡᠷᠭᠡ ᠶᠠᠪᠤᠳᠠᠯ ᠢ ᠰᠤᠳᠤᠯᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号