5 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠯᠢᠦ ᠬᠤ᠋ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠬᠤ᠋ ᠲᠢᠶᠠᠨ | ᠸᠧᠨ ᠣᠷᠣᠯᠴᠠᠪᠠ᠃ | ᠤᠯᠤᠰ ᠤᠨ ᠡᠨᠧᠷᠭᠢ ᠶᠢᠨ ᠨᠡᠭᠦᠷᠡᠰᠦ ᠡᠳ᠋ᠰᠢᠭᠦᠯᠬᠦ ᠲᠥᠪ᠂ ᠭᠦᠸᠧ ᠲᠠᠢ ᠾᠧᠩ ᠰᠢᠩ᠂ ᠭᠤᠸᠠᠩ ᠶᠤᠸᠠᠨ | ᠨᠡᠭᠦᠷᠡᠰᠦᠨ ᠤ ᠠᠵᠤ ᠦᠢᠯᠡᠰ ᠤᠨ ᠬᠦᠷᠢᠶᠡᠯᠡᠩ ᠵᠡᠷᠭᠡ ᠠᠵᠤ ᠠᠬᠤᠶᠢᠯᠠᠯ ᠳᠤ᠂ ᠯᠢᠦ ᠬᠤ᠋ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ | ᠵᠠᠬ᠎ᠠ ᠳᠡᠯᠭᠡᠭᠦᠷ ᠤᠨ ᠪᠣᠷᠦᠯᠠᠭᠤᠯᠭᠠ᠂ ᠲᠥᠷᠥᠯ ᠵᠦᠢᠯ ᠤᠨ ᠲᠤᠷᠰᠢᠨ ᠪᠠᠶᠢᠴᠠᠭᠠᠯᠲᠠ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ ᠬᠡᠯᠡᠭᠰᠡᠨ ᠨᠢ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ︽ᠨᠢᠭᠡ ᠠᠵᠤ ᠠᠬᠤᠶᠢᠯᠠᠯ | ᠨᠢᠭᠡ ᠬᠠᠮᠢᠶᠠᠷᠤᠭᠴᠢ︾ ᠶᠢᠨ ᠦᠢᠯᠡᠴᠢᠯᠡᠭᠡᠨ ᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠨᠡᠭᠦᠷᠡᠰᠦᠨ ᠤ ᠢᠷᠡᠯᠲᠡ ᠶᠢ ᠪᠥᠬᠦ | ᠬᠦᠴᠦᠨ ᠢᠶᠠᠷ ᠢᠶᠠᠨ ᠥᠷᠭᠡᠳᠬᠡᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ | ᠬᠤᠤᠰ ᠬᠡᠯᠬᠢᠶ᠎ᠠ ᠶᠢᠨ ᠠᠵᠤ ᠠᠬᠤᠶᠢᠯᠠᠯ ᠤᠨ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ᠂ ᠬᠠᠷᠢᠯᠴᠠᠨ ᠬᠠᠷᠠᠭᠠᠯᠵᠠᠵᠤ | ᠬᠠᠮᠲᠤ ᠪᠠᠷ ᠣᠷᠣᠰᠢᠬᠤ ᠶᠢ ᠠᠬᠢᠭᠤᠯᠬᠤ ᠬᠡᠷᠡᠭᠲᠡᠶ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠲᠦᠭᠦᠬᠡᠶ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠤᠬᠢᠶᠠᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦᠨ ᠤ | ᠶᠠᠰᠤ ᠴᠢᠨᠠᠷ ᠪᠣᠯᠤᠨ ᠭᠠᠷᠤᠯᠲᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠨᠡᠭᠦᠷᠡᠰᠦᠨ ᠤ ᠠᠰᠢᠭᠯᠠᠯᠲᠠ ᠶᠢᠨ ᠦᠷ᠎ᠡ | ᠪᠦᠲᠦᠮᠵᠢ ᠪᠣᠯᠤᠨ ᠨᠡᠮᠡᠯᠲᠡ ᠦᠷᠳᠡᠭ ᠢ ᠪᠦᠲᠦᠮᠵᠢᠲᠡᠢ ᠳᠡᠭᠡᠭᠰᠢᠯᠡᠭᠦᠯᠵᠦ᠂ ᠦᠷ᠎ᠡ ᠠᠰᠢᠭ ᠢ ᠬᠠᠮᠤᠭ ᠤᠨ ᠶᠡᠭᠡ | ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ | ᠨᠡᠭᠦᠷᠡᠰᠦ ᠤᠬᠢᠶᠠᠵᠤ ᠰᠢᠯᠢᠵᠦ ᠰᠣᠩᠭᠤᠬᠤ ᠮᠡᠷᠭᠡᠵᠢᠯ ᠢ ᠥᠭᠡᠷᠡᠴᠢᠯᠡᠨ ᠳᠡᠭᠡᠭᠰᠢᠯᠡᠭᠦᠯᠬᠦ ᠶᠢ ᠴᠢᠨᠠᠷ ᠰᠠᠶᠢᠲᠠᠢ | ᠠᠬᠢᠭᠤᠯᠵᠤ᠂ ᠲᠥᠬᠦᠭᠡᠷᠦᠮᠵᠢ ᠲᠠᠢ ᠨᠡᠭᠦᠷᠡᠰᠦ ᠲᠤᠬᠢᠷᠠᠭᠤᠯᠤᠨ ᠲᠤᠷᠰᠢᠬᠤ ᠶᠢ ᠲᠦᠷᠭᠡᠳᠬᠡᠵᠦ᠂ ᠬᠦᠴᠢᠷᠳᠡᠯ ᠲᠠᠢ | ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ | ᠬᠡᠷᠡᠭᠯᠡᠵᠦ᠂ ᠡᠷᠲᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠨᠡᠭᠦᠷᠡᠰᠦ ᠶᠢ ᠤᠬᠢᠶᠠᠵᠤ | ᠰᠣᠩᠭᠤᠬᠤ᠂ ᠬᠠᠳᠠᠭᠠᠯᠠᠬᠤ᠂ ᠨᠡᠭᠦᠷᠡᠰᠦ ᠳᠣᠭᠢᠷᠠᠭᠤᠯᠬᠤ ᠪᠥᠬᠦ ᠶᠠᠪᠤᠴᠠ᠂ ᠡᠯ᠎ᠡ ᠭᠤᠭᠴᠤᠭ᠎ᠠ ᠶᠢ ᠨᠡᠪᠲᠡᠷᠡᠭᠦᠯᠵᠦ᠂ | ᠮᠣᠩᠭᠤᠯ ᠨᠡᠭᠦᠷᠡᠰᠦ᠂ ᠰᠢᠨᠵᠢᠶᠠᠩ ᠤᠨ ᠨᠡᠭᠦᠷᠡᠰᠦ ᠶᠢ ᠦᠬᠠᠢ ᠳᠤ ᠣᠷᠣᠭᠤᠯᠬᠤ ᠡᠷᠴᠢᠮ ᠢ ᠴᠢᠩᠭᠠᠷᠠᠭᠤᠯᠤᠨ᠂ | ᠲᠡᠭᠡᠭᠡᠪᠦᠷᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠶᠤᠨᠴᠢ ᠪᠠᠷ ᠤᠬᠢᠶᠠᠵᠤ ᠰᠣᠩᠭᠤᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠠᠵᠤ ᠠᠬᠤᠶ ᠶᠢᠨ ᠦᠷ᠎ᠡ | ᠠᠰᠢᠭ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠵᠦ᠂ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠠᠢ᠃ | |