ᠶᠠᠨ ᠸᠧᠨ ᠯᠦᠩ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/5/15
      5 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠬᠤ ᠳᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠰᠠᠶᠢᠵᠢᠷᠠᠭᠤᠯᠤᠯᠲᠠ ᠶᠢᠨ ᠦᠷ᠎ᠡ ᠪᠦᠲᠦᠮᠵᠢ ᠪᠠᠷ ᠦᠨᠡᠨ ᠬᠦ ᠦᠭᠡ ᠬᠡᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠠᠷ ᠡᠪᠬᠡᠮᠡᠯ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠬᠠᠨ ᡁᠢ ᠯᠢᠨ ᠣᠷᠣᠯᠴᠠᠪᠠ᠃      ᠮᠧᠩ ᠳ᠋ᠡ ᠭᠠᠭ᠋ᠠᠢ ᠨᠢᠲᠤᠯᠬᠤ ᠲᠠᠯᠠᠪᠠᠢ ᠳᠤ᠂ ᠶᠠᠨ ᠸᠧᠨ ᠯᠦᠩ ᠠᠵᠤ ᠠᠬᠤᠶᠢᠯᠠᠯ ᠤᠨ ᠦᠢᠯᠡᠳᠪᠦᠷᠢᠯᠡᠯ᠂ ᠬᠢᠵᠢᠭ ᠤᠨ ᠪᠠᠶᠢᠴᠠᠭᠠᠯᠲᠠ᠂ ᠬᠤᠣᠷ ᠦᠭᠡᠶᠢᠵᠢᠬᠦᠯᠦᠨ ᠰᠢᠢᠳᠪᠦᠷᠢᠯᠡᠭᠰᠡᠨ ᠵᠡᠷᠭᠡ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ︽ᠣᠷᠣᠭᠤᠯᠤᠯᠲᠠ ᠶᠢᠨ ᠪᠣᠳᠠᠰ᠂ ᠲᠡᠵᠢᠭᠡᠨ ᠦᠷᠡᠵᠢᠭᠦᠯᠬᠦ᠂ ᠰᠢᠯᠵᠢᠭᠦᠯᠦᠨ ᠲᠡᠭᠡᠭᠡᠪᠦᠷᠢᠯᠡᠬᠦ᠂ ᠠᠯᠠᠵᠤ ᠨᠢᠲᠤᠯᠬᠤ᠂ ᠬᠤᠤᠷ ᠥᠬᠡᠶᠢᠳᠡᠭᠦᠯᠦᠨ ᠰᠢᠢᠳᠪᠦᠷᠢᠯᠡᠬᠦ︾ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠪᠢ ᠪᠠᠷ ᠢᠶᠠᠨ ᠳᠤᠷ᠎ᠠ ᠪᠠᠷ ᠢᠶᠠᠨ ᠠᠯᠠᠵᠤ ᠨᠢᠲᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠲᠠᠨ ᠤ ᠬᠢᠵᠢᠭ ᠢ ᠪᠠᠶᠢᠴᠠᠭᠠᠬᠤ ᠠᠵᠢᠯ ᠤᠨ ᠤᠯᠠ ᠮᠥᠷ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠢᠷᠢ ᠲᠡᠩᠴᠡᠬᠦ ᠥᠬᠡᠶ ᠮᠢᠬᠠᠨ ᠤ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠡᠷᠡᠰ ᠬᠤᠷᠢᠭᠯᠠᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠬᠢ ᠡᠭᠦᠰᠦᠯ ᠠᠴᠠ ᠨᠢ ᠬᠤᠭᠤᠯᠠᠨ ᠰᠢᠷᠡᠭᠡᠨ ᠳᠤ ᠬᠦᠷᠲᠡᠯᠡᠬᠢ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠠᠯᠠᠵᠤ ᠨᠢᠲᠤᠯᠬᠤ ᠠᠵᠤ ᠠᠬᠤᠶᠢᠯᠠᠯ ᠤᠨ ᠳᠡᠰ ᠳᠡᠪᠰᠢᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠠᠵᠤ ᠨᠢᠲᠤᠯᠬᠤ ᠶᠠᠪᠤᠴᠠ ᠳᠤ ᠡᠭᠦᠰᠦᠭᠰᠡᠨ ᠪᠣᠬᠢᠷ ᠤᠰᠤ᠂ ᠬᠠᠶᠠᠭᠳᠠᠮᠠᠯ ᠪᠣᠳᠠᠰ ᠵᠡᠷᠭᠡ ᠶᠢ ᠲᠥᠪᠯᠡᠷᠡᠭᠦᠯᠦᠨ ᠬᠤᠷᠢᠶᠠᠵᠤ ᠨᠥᠭᠡᠴᠡᠯᠡᠬᠦ᠂ ᠨᠢᠭᠡᠳᠦᠯᠲᠡᠶ ᠴᠡᠪᠡᠷᠯᠡᠬᠦ ᠶᠢ ᠦᠨᠡᠨᠬᠦ ᠪᠠᠲᠤᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠪᠡᠶᠡᠯᠡᠭᠦᠯᠬᠦ ᠬᠡᠷᠡᠭᠲᠡᠶ ᠭᠡᠵᠠᠢ᠃      ᠱᠠᠨ ᠬᠠᠢ ᠵᠣᠴᠢᠳ ᠤᠨ ᠪᠠᠭᠤᠳᠠᠯ ᠪᠣᠯᠣᠨ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠲᠥᠪ ᠲᠤ᠂ ᠶᠠᠨ ᠸᠧᠨ ᠯᠦᠩ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠬᠤᠯᠪᠣᠭᠳᠠᠯ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠬᠢᠨ ᠰᠡᠳᠦᠪ ᠲᠠᠢ ᠬᠠᠮᠲᠤ ᠪᠠᠷ ᠬᠠᠷᠢᠭᠤᠯᠲᠠ ᠥᠭᠴᠦ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠯᠤᠭᠤᠳᠬᠠᠬᠤ ᠪᠠ ᠲᠦᠭᠵᠢᠬᠦ ᠶᠢ ᠤᠶᠠᠯᠳᠤᠭᠤᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠠᠷᠢᠯᠢᠬᠵᠢᠭᠤᠯᠤᠨ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠡᠯ᠎ᠡ ᠲᠥᠷᠥᠯ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠡᠮᠬᠢ ᠵᠢᠷᠤᠮ ᠲᠠᠢ᠂ ᠵᠠᠮ ᠳᠡᠭᠡᠷ᠎ᠡ ᠴᠡᠪᠡᠷ ᠴᠡᠮᠴᠡᠭᠡᠷ᠂ ᠬᠤᠭ ᠨᠣᠪᠰᠢ ᠶᠢ ᠴᠠᠭ ᠲᠤᠬᠠᠶ ᠳᠤᠨᠢ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠯ ᠵᠢᠭᠦᠷᠲᠡᠨ ᠤ ᠢᠯᠭᠠᠳᠠᠰᠤ ᠶᠢ ᠴᠤᠭᠯᠠᠭᠤᠯᠬᠤ ᠰᠢᠰᠲ᠋ᠧᠮ᠂ ᠲᠦᠷ ᠬᠠᠳᠠᠭᠠᠯᠠᠬᠤ ᠪᠡᠯᠡᠳᠬᠡᠮᠵᠢ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠡᠬᠡ ᠲᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠪᠡᠯᠡᠳᠬᠡᠮᠵᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠢᠯᠡ ᠲᠣᠳᠣ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠪᠠᠶᠢᠷᠢᠯᠠᠭᠤᠯᠤᠨ᠂ ᠮᠠᠯ ᠵᠢᠭᠦᠷᠲᠡᠨ ᠤ ᠢᠯᠭᠠᠳᠠᠰᠤ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠦᠵᠡᠭᠳᠡᠯ ᠢ ᠡᠷᠡᠰ ᠬᠤᠷᠢᠭᠯᠠᠵᠤ᠂ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号