ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 160 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/16
      5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 160 ᠳ᠋ᠤᠭᠠᠷ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠤᠷᠠᠯ᠂ ᠲᠤᠭᠤᠷᠢᠭ ᠤᠨ ᠣᠶ ᠰᠢᠭᠤᠶ ᠶᠢᠨ ᠳᠠᠷᠤᠭ᠎ᠠ ᠶᠢᠨ ᠬᠤᠷᠠᠯ᠂ ᠲᠤᠭᠤᠷᠢᠭ ᠤᠨ ᠶᠡᠷᠦᠩᠬᠡᠶ ᠭᠤᠤᠯ ᠤᠨ ᠳᠠᠷᠤᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠪᠠ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠬᠦᠴᠦᠷᠬᠡᠭ︾ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠦᠨᠡᠨ ᠪᠣᠳᠠᠲᠠᠢ᠂ ᠪᠠᠶᠠᠯᠢᠭ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠡᠩ ᠰᠠᠨᠠᠭᠠᠴᠢᠯᠠᠭ᠎ᠠ ᠠᠴᠠ ᠪᠠᠨ᠂ ᠨᠡᠩ ᠬᠦᠴᠦᠲᠡᠢ ᠰᠠᠶᠢᠲᠤᠷ ᠬᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠠᠢ᠃       ᠬᠤᠷᠠᠯ ᠠᠴᠠ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠭᠤᠣᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠠᠪᠤᠨ ᠲᠣᠭᠤᠷᠢᠭ ᠨᠢᠭᠡ ᠭᠤᠣᠯ︾ ᠢ ᠨᠢᠭᠡᠳᠦᠯᠲᠡᠢ ᠲᠥᠯᠥᠪᠵᠢᠭᠦᠯᠦᠨ ᠵᠠᠰᠠᠬᠤ ᠲᠠᠢ ᠤᠶᠠᠯᠳᠤᠭᠤᠯᠵᠤ᠂ ᠨᠣᠭᠤᠭᠠᠷᠠᠭᠤᠯᠤᠯᠲᠠ ᠶᠢ ᠥᠷᠭᠡᠳᠬᠡᠨ ᠨᠣᠭᠤᠭᠠᠷᠠᠭᠤᠯᠤᠯᠲᠠ ᠶᠢ ᠬᠠᠮᠠᠭᠠᠯᠠᠬᠤ ᠪᠠ ᠳᠡᠭᠡᠳᠦ ᠳᠤᠤᠷᠠᠳᠤ ᠤᠷᠤᠰᠬᠠᠯ ᠢ ᠨᠡᠪᠲᠡᠷᠡᠭᠦᠯᠵᠦ ᠨᠢᠭᠡ ᠴᠤᠬᠴᠠᠵᠢᠭᠤᠯᠤᠬᠰᠠᠨ ᠤᠰᠤᠨ ᠤ ᠠᠮᠢ ᠠᠬᠤᠢ ᠶᠢᠨ ᠵᠠᠰᠠᠯᠲᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠲᠥᠪᠯᠡᠷᠡᠭᠦᠯᠦᠨ ᠴᠡᠭᠴᠡᠯᠡᠨ ᠵᠠᠰᠠᠬᠤ᠂ ᠰᠤᠷᠤᠯᠴᠠᠯᠭ᠎ᠠ ᠬᠥᠮᠦᠵᠢᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠢᠳᠡᠭᠡᠨ ᠤ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号