5 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠭᠰᠠᠨ ᠪᠥᠭᠡᠳ ︽ᠱᠦᠵᠢ ᠶᠢᠨ | ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠯᠢᠦ | ᠵᠢᠶᠠᠨ ᠵᠢᠶᠦ᠋ᠨ᠂ ᠬᠤ᠋ ᠲᠢᠶᠠᠨ ᠸᠧᠨ ᠣᠷᠣᠯᠴᠠᠪᠠ᠃ | ᠶᠠᠨ ᠸᠧᠨ ᠯᠦᠩ ᠨᠠᠷ ᠤᠷᠢᠳ ᠬᠤᠵᠢᠳ ᠭᠤᠸᠠᠩ ᠶᠤᠸᠠᠨ᠂ ᠷᠧᠨ ᠲᠦᠩ ᠱᠧᠩ᠂ ᠰᠢᠩ ᠹᠠ᠂ ᠶᠤᠸᠠᠨ | ᠬᠤᠩ ᠵᠡᠷᠭᠡ ᠠᠵᠤ ᠠᠬᠤᠶᠢᠯᠠᠯ ᠳᠤ ᠬᠦᠷᠴᠦ᠂ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠪᠣᠯᠤᠨ ᠪᠠᠷᠢᠯᠭ᠎ᠠ ᠶᠢᠨ | ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠬᠡᠷᠡᠭᠴᠡᠭᠡ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ | ᠣᠶᠢᠯᠠᠭᠠᠵᠤ᠂ ᠬᠤᠯᠪᠣᠭᠳᠠᠯ ᠪᠦᠬᠦᠢ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃ | ᠲᠡᠷᠡ ᠬᠡᠯᠡᠭᠰᠡᠨ ᠨᠢ᠂ ︽ᠭᠤᠷᠪᠠ ᠶᠢ ᠨᠡᠶᠢᠳᠬᠡᠬᠦ︾ ᠶᠢ ᠲᠦᠷᠭᠡᠨ ᠪᠡᠶᠡᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ | ᠨᠡᠭᠦᠷᠡᠰᠦᠨ ᠤ ᠡᠬᠢ ᠰᠤᠷᠪᠤᠯᠵᠢ ᠶᠢ ᠥᠷᠭᠡᠳᠬᠡᠵᠦ᠂ ᠨᠡᠭᠦᠷᠡᠰᠦ ᠲᠤᠬᠢᠷᠠᠭᠤᠯᠤᠨ ᠪᠣᠯᠪᠠᠰᠤᠷᠠᠭᠤᠯᠬᠤ ᠠᠷᠠᠯᠵᠢᠶᠠᠨ ᠤ | ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠤ | ᠦᠢᠯᠡᠰ ᠤᠨ ᠬᠡᠯᠬᠢᠶ᠎ᠡ ᠲᠠᠢ ᠣᠨᠣᠪᠴᠢᠲᠠᠢ ᠵᠣᠯᠭᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠳᠣᠲᠣᠭᠠᠳᠤ ᠣᠷᠴᠢᠯ ᠢ | ᠨᠡᠪᠲᠡᠷᠡᠭᠦᠯᠵᠦ᠂ ᠬᠠᠮᠲᠤ ᠪᠠᠷ ᠳᠤᠯᠠᠭᠠᠯᠠᠭ᠎ᠠ ᠬᠠᠩᠭᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ | ᠪᠡᠶᠡᠯᠡᠭᠦᠯᠬᠦ ᠬᠡᠷᠡᠭᠲᠡᠢ᠃ ᠲᠡᠮᠦᠷ ᠵᠠᠮ ᠤᠨ ᠴᠢᠩᠭᠡᠯᠢᠭ ᠤᠨ ᠪᠠᠷᠠᠭᠠᠨ ᠤ ᠭᠦᠢᠯᠭᠡᠭᠡᠨ ᠤ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠵᠥᠷᠢᠶᠡᠵᠢᠭᠰᠡᠨ ᠪᠠᠶᠢᠷᠢ ᠵᠥᠷᠢᠭᠰᠡᠨ ᠬᠥᠭᠵᠢᠯᠲᠡ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠡᠭᠡᠭᠡᠪᠦᠷᠢ ᠶᠢᠨ ᠦᠢᠯᠡᠴᠢᠯᠡᠭᠡᠨ ᠤ ᠪᠦᠲᠦᠴᠡ ᠶᠢ | ᠰᠢᠯᠢᠳᠡᠭᠵᠢᠭᠦᠯᠵᠦ᠂ ︽ᠬᠠᠷ᠎ᠠ ᠪᠠᠷᠠᠭ᠎ᠠ ᠴᠠᠭᠠᠨ ᠪᠠᠷᠠᠭ᠎ᠠ︾ ᠶᠢᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ | ᠠᠬᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠥᠪᠡᠷ ᠤᠨ | ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡ ᠯᠡ ᠳᠡᠭᠡᠷ᠎ᠡ ᠤᠯᠠᠨ ᠤᠳᠠᠭ᠎ᠠ ᠪᠡᠶᠡᠯᠡᠭᠦᠯᠬᠦ | ᠬᠡᠷᠡᠭᠲᠡᠢ᠃ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠢᠯᠡᠳᠬᠦᠨ ᠤ ᠪᠦᠲᠦᠴᠡ ᠶᠢ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠦᠬᠦ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ | ᠲᠣᠭᠲᠠᠭᠤᠨ ᠢᠶᠠᠷ ᠨᠡᠮᠡᠭᠳᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ | ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ ᠭᠡᠵᠠᠢ᠃ | |